ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨᠠ ᠶᠢᠨ ᠬᠦᠷᠡᠯᠰᠦ᠋ᠬᠡ ᠶᠢᠨ ᠰᠠᠨᠠᠭᠠᠴᠢᠯᠠᠭᠠ ᠪᠠᠷ ᠬᠡᠷᠡᠭᠵᠢᠵᠦ ᠪᠤᠢ 《ᠬᠦᠨᠡᠰᠦᠨ ᠦ ᠬᠠᠩᠭᠠᠮᠵᠢ᠂ ᠠᠶᠤᠯ ᠦᠭᠡᠢ ᠪᠠᠶᠢᠳᠠᠯ》 ᠦᠨᠳᠦᠰᠦᠨ ᠦ ᠬᠥᠳᠡᠯᠭᠡᠭᠡᠨ ᠦ ᠣᠷᠣᠨ ᠨᠤᠲᠤᠭ ᠳ᠋ᠠᠬᠢ ᠨᠡᠭᠡᠭᠡᠯᠲᠡ /2022.10.10-2022.10.16 ᠳᠤ/ ᠡᠬᠡ ᠣᠷᠣᠨ ᠤ ᠬᠣᠶᠢᠮᠣᠷ ᠨᠤᠲᠤᠭ ᠬᠥᠪᠰᠥᠭᠥᠯ ᠠᠶᠢᠮᠠᠭ ᠠᠴᠠ ᠡᠬᠢᠯᠡᠵᠦ᠂ ᠪᠤᠯᠠᠭᠠᠨ᠂ ᠣᠷᠬᠣᠨ᠂ ᠰᠡᠯᠡᠩᠭᠡ᠂ ᠳᠠᠷᠬᠠᠨ-ᠠᠭᠤᠯᠠ ᠠᠶᠢᠮᠠᠭ ᠤᠳ ᠲᠤ ᠠᠮᠵᠢᠯᠲᠠᠲᠠᠢ ᠵᠣᠬᠢᠶᠠᠨ ᠪᠠᠶᠢᠭᠤᠯᠤᠭᠳᠠᠯᠠ᠃
ᠶᠡᠷᠦᠩᠬᠡᠶᠢᠯᠡᠭᠴᠢ ᠤ᠊ ∙ ᠬᠦᠷᠡᠯᠰᠦ᠋ᠬᠡ 《ᠬᠦᠨᠡᠰᠦᠨ ᠦ ᠬᠠᠩᠭᠠᠮᠵᠢ᠂ ᠠᠶᠤᠯ ᠦᠭᠡᠢ ᠪᠠᠶᠢᠳᠠᠯ》 ᠦᠨᠳᠦᠰᠦᠨ ᠦ ᠬᠥᠳᠡᠯᠭᠡᠭᠡᠨ ᠳᠦ ᠣᠷᠣᠯᠴᠠᠭᠴᠢᠳ ᠲᠤ ᠮᠡᠨᠳᠦᠴᠢᠯᠡᠭᠡ ᠳᠡᠪᠰᠢᠭᠦᠯᠪᠡ᠃ ᠮᠡᠨᠳᠦᠴᠢᠯᠡᠭᠡ ᠶᠢ ᠶᠡᠷᠦᠩᠬᠡᠶᠢᠯᠡᠭᠴᠢ ᠶᠢᠨ ᠦᠢᠯᠡᠳᠪᠦᠷᠢ᠂ ᠦᠢᠯᠡᠴᠢᠯᠡᠭᠡᠨ ᠦ ᠪᠣᠳᠣᠯᠭᠠ ᠶᠢᠨ ᠵᠥᠪᠯᠡᠬᠦ ᠴᠢ ∙ ᠳᠠᠸᠠᠪᠠᠶᠠᠷ ᠤᠩᠰᠢᠵᠤ ᠲᠠᠨᠢᠯᠴᠠᠭᠤᠯᠤᠯᠠ᠃