
ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠦᠢᠯᠡᠳᠪᠦᠷᠢ᠂ ᠦᠢᠯᠡᠴᠢᠯᠡᠭᠡᠨ ᠦ ᠪᠣᠳᠣᠯᠭᠠ ᠶᠢᠨ ᠵᠥᠪᠯᠡᠬᠦ ᠴᠢ ∙ ᠳᠠᠸᠠᠪᠠᠶᠠᠷ ᠵᠡᠭᠦᠨ ᠪᠦᠰᠡ ᠶᠢᠨ ᠬᠥᠭᠵᠢᠯ ᠦᠨ ᠡᠬᠢᠯᠡᠯ ᠳᠣᠷᠣᠨᠠᠭᠣᠪᠢ ᠠᠶᠢᠮᠠᠭ ᠲᠤ ᠠᠵᠢᠯᠯᠠᠵᠤ ᠪᠠᠶᠢᠨᠠ᠃ ᠥᠨᠥᠳᠥᠷ ᠲᠤᠰ ᠠᠶᠢᠮᠠᠭ ᠤᠨ ᠬᠦᠨᠳᠦ ᠦᠢᠯᠡᠳᠪᠦᠷᠢᠯᠡᠯ ᠦᠨ ᠵᠢᠰᠢᠭ ᠪᠦᠲᠦᠭᠡᠨ ᠪᠠᠶᠢᠭᠤᠯᠤᠯᠲᠠ ᠨᠤᠭᠤᠳ ᠲᠠᠢ ᠲᠠᠨᠢᠯᠴᠠᠯᠠ᠃

ᠳᠣᠷᠣᠨᠠᠭᠣᠪᠢ ᠬᠠᠷᠠ ᠲᠡᠮᠦᠷᠯᠢᠭ ᠦᠨ ᠴᠣᠭᠴᠠᠯᠠᠪᠤᠷᠢ
ᠳᠣᠷᠣᠨᠠᠭᠣᠪᠢ ᠠᠶᠢᠮᠠᠭ ᠤᠨ ᠠᠯᠲᠠᠨᠰᠢᠷᠡᠭᠡ ᠰᠤᠮᠤ ᠶᠢᠨ ᠨᠤᠲᠤᠭ ᠲᠤ ᠪᠠᠶᠢᠷᠢᠯᠠᠬᠤ 《ᠳᠣᠷᠣᠨᠠᠭᠣᠪᠢ ᠬᠠᠷᠠ ᠲᠡᠮᠦᠷᠯᠢᠭ ᠦᠨ ᠴᠣᠭᠴᠠᠯᠠᠪᠤᠷᠢ》 ᠨᠢ 《ᠪᠣᠯᠣᠳᠲᠡᠮᠦᠷ ᠢᠷᠦᠭᠡ ᠭᠣᠣᠯ》 ᠺᠣᠮᠫᠠᠨᠢ ᠶᠢᠨ 2019-2025 ᠣᠨ ᠳᠤ ᠬᠡᠷᠡᠭᠵᠢᠭᠦᠯᠵᠦ ᠪᠤᠢ 《ᠠᠯᠲᠠᠨ ᠰᠢᠷᠡᠭᠡᠲᠦ》 ᠦᠢᠯᠡᠳᠪᠦᠷᠢᠯᠡᠯ᠂ ᠲᠧᠭᠨᠣᠯᠣᠭᠢ ᠶᠢᠨ ᠫᠠᠷᠺ ᠲᠥᠰᠦᠯ ᠦᠨ ᠬᠦᠷᠢᠶᠡᠨ ᠳᠦ ᠬᠢᠭᠳᠡᠭᠰᠡᠨ ᠪᠦᠲᠦᠭᠡᠨ ᠪᠠᠶᠢᠭᠤᠯᠤᠯᠲᠠ ᠶᠢᠨ ᠨᠢᠭᠡ ᠶᠤᠮ᠃

ᠲᠤᠰ ᠦᠢᠯᠡᠳᠪᠦᠷᠢ ᠨᠢ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠦᠢᠯᠡ ᠠᠵᠢᠯᠯᠠᠭᠠᠨ ᠤ ᠬᠦᠷᠢᠶᠡᠨ ᠳᠦ ᠳᠡᠮᠵᠢᠭᠳᠡᠨ ᠬᠢᠭᠳᠡᠵᠦ ᠪᠤᠢ ᠬᠦᠨᠳᠦ ᠦᠢᠯᠡᠳᠪᠦᠷᠢᠯᠡᠯ ᠢ ᠬᠥᠭᠵᠢᠭᠦᠯᠵᠦ᠂ ᠡᠷᠦᠳᠡᠰᠦ ᠲᠦᠭᠦᠬᠡᠢ ᠡᠳ᠋ ᠦᠨ ᠪᠣᠯᠪᠠᠰᠤᠷᠠᠭᠤᠯᠤᠯᠲᠠ ᠶᠢᠨ ᠲᠦᠪᠰᠢᠨ ᠢ ᠠᠬᠢᠭᠤᠯᠤᠨ᠂ ᠨᠡᠮᠡᠭᠦᠦ ᠥᠷᠲᠡᠭ ᠰᠢᠩᠭᠡᠭᠰᠡᠨ ᠪᠦᠲᠦᠭᠡᠭᠳᠡᠬᠦᠨ ᠦᠢᠯᠡᠳᠪᠦᠷᠢᠯᠡᠨ ᠠᠵᠢᠯᠯᠠᠵᠤ ᠪᠠᠶᠢᠨᠠ᠃

















