ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠦᠢᠯᠡᠳᠪᠦᠷᠢ᠂ ᠦᠢᠯᠡᠴᠢᠯᠡᠭᠡᠨ ᠦ ᠪᠣᠳᠣᠯᠭᠠ ᠶᠢᠨ ᠵᠥᠪᠯᠡᠬᠦ ᠴᠢ ∙ ᠳᠠᠸᠠᠪᠠᠶᠠᠷ᠂ ᠶᠡᠷᠦᠩᠬᠡᠶᠢᠯᠡᠭᠴᠢ ᠶᠢᠨ ᠡᠳ᠋ ᠦᠨ ᠵᠠᠰᠠᠭ ᠤᠨ ᠪᠣᠳᠣᠯᠭᠠ ᠶᠢᠨ ᠵᠥᠪᠯᠡᠬᠦ ᠪᠠ ∙ ᠳᠠᠸᠠᠳᠠᠯᠠᠢ᠂ ᠦᠨᠳᠦᠰᠦᠨ ᠦ ᠠᠶᠤᠯ ᠦᠭᠡᠢ ᠪᠠᠶᠢᠳᠠᠯ ᠤᠨ ᠵᠥᠪᠯᠡᠯ ᠦᠨ ᠠᠵᠢᠯ ᠤᠨ ᠠᠯᠪᠠᠨ ᠤ ᠬᠡᠯᠲᠡᠰ ᠦᠨ ᠳᠠᠷᠤᠭᠠ ᠳ ∙ ᠡᠩᠬᠡᠮᠠ ᠨᠠᠷ ᠤᠨ ᠪᠦᠷᠢᠯᠳᠦᠬᠦᠨ ᠲᠡᠢ ᠠᠵᠢᠯ ᠤᠨ ᠬᠡᠰᠡᠭ 《ᠬᠦᠨᠡᠰᠦᠨ ᠦ ᠬᠠᠩᠭᠠᠮᠵᠢ᠂ ᠠᠶᠤᠯ ᠦᠭᠡᠢ ᠪᠠᠶᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠦ ᠣᠷᠣᠨ ᠨᠤᠲᠤᠭ ᠤᠨ ᠪᠠᠶᠠᠯᠢᠭ ᠪᠦᠲᠦᠭᠡᠭᠴᠢ᠂ ᠦᠨᠳᠦᠰᠦᠨ ᠦ ᠦᠢᠯᠡᠳᠪᠦᠷᠢ ᠨᠦᠭᠦᠳ ᠲᠦ ᠠᠵᠢᠯᠯᠠᠵᠤ ᠪᠠᠶᠢᠨᠠ᠃
ᠡᠨᠡ ᠬᠦᠷᠢᠶᠡᠨ ᠳᠦ ᠪᠠᠶᠠᠨᠬᠣᠩᠭᠣᠷ ᠰᠤᠮᠤ ᠶᠢᠨ 《ᠰᠦᠯᠳᠡᠨ ᠲᠩᠷᠢ》 ᠬᠣᠷᠰᠢᠶᠠᠨ ᠤ 《ᠲᠣᠷᠯᠠᠨ》 ᠲᠠᠯᠬᠠ ᠨᠠᠷᠢᠨ ᠪᠣᠣᠪᠣᠨ ᠤ ᠦᠢᠯᠡᠳᠪᠦᠷᠢ ᠶᠢᠨ ᠦᠢᠯᠡ ᠠᠵᠢᠯᠯᠠᠭᠠ ᠲᠠᠢ ᠲᠠᠨᠢᠯᠴᠠᠯᠠ᠃
《ᠲᠣᠷᠯᠠᠨ》 ᠲᠠᠯᠬᠠ ᠨᠠᠷᠢᠨ ᠪᠣᠣᠪᠣᠨ ᠤ ᠦᠢᠯᠡᠳᠪᠦᠷᠢ ᠨᠢ ᠨᠤᠲᠤᠭ ᠤᠨ ᠤᠤᠭᠠᠨ ᠬᠦᠨᠡᠰᠦᠨ ᠦ ᠦᠢᠯᠡᠳᠪᠦᠷᠢ ᠪᠥᠭᠡᠳ ᠨᠡᠶᠢᠲᠡ 40 ᠭᠠᠷᠤᠢ ᠢᠷᠭᠡᠳ ᠢ ᠠᠵᠢᠯ ᠤᠨ ᠪᠠᠶᠢᠷᠢ ᠪᠠᠷ ᠬᠠᠩᠭᠠᠨ᠂ 38 ᠨᠡᠷᠡ ᠲᠥᠷᠥᠯ ᠦᠨ ᠪᠦᠲᠦᠭᠡᠭᠳᠡᠬᠦᠨ ᠢ ᠦᠢᠯᠡᠳᠪᠦᠷᠢᠯᠡᠨ ᠣᠷᠣᠨ ᠨᠤᠲᠤᠭ ᠤᠨ ᠵᠠᠬᠠ ᠵᠡᠭᠡᠯᠢ ᠳᠦ ᠨᠡᠶᠢᠯᠡᠭᠦᠯᠵᠦ ᠪᠠᠶᠢᠨᠠ᠃
ᠠᠶᠢᠮᠠᠭ ᠤᠨ ᠢᠶᠠᠨ ᠲᠠᠯᠬᠠ ᠨᠠᠷᠢᠨ ᠪᠣᠣᠪᠣᠨ ᠤ ᠬᠡᠷᠡᠭᠯᠡᠭᠡᠨ ᠦ 80 ᠬᠤᠪᠢ ᠢ ᠬᠠᠩᠭᠠᠳᠠᠭ ᠲᠤᠰ ᠦᠢᠯᠡᠳᠪᠦᠷᠢ ᠣᠷᠣᠰ ᠤᠨ ᠬᠣᠯᠪᠣᠭᠠᠨ ᠤ ᠤᠯᠤᠰ ᠤᠨ ᠰᠲ᠋ᠷᠠᠲ᠋ᠦ᠋ᠰ ᠺᠣᠮᠫᠠᠨᠢ ᠲᠠᠢ ᠬᠠᠮᠲᠤᠷᠠᠨ 5 ᠲᠥᠷᠥᠯ ᠦᠨ᠂ ᠣᠯᠠᠨ ᠦᠷᠡ ᠲᠡᠢ ᠲᠠᠯᠬᠠ ᠶᠢ ᠨᠤᠲᠤᠭ ᠲᠤ ᠪᠠᠨ ᠦᠢᠯᠡᠳᠪᠦᠷᠢᠯᠡᠵᠦ ᠡᠬᠢᠯᠡᠵᠡᠢ᠃
2019 ᠣᠨ ᠳᠤ ISO 9001᠄2015 ᠴᠢᠨᠠᠷ ᠤᠨ ᠰᠲ᠋ᠠᠨᠳᠠᠷᠲ ᠢ ᠦᠢᠯᠡᠳᠪᠦᠷᠢ ᠳᠦ ᠪᠡᠨ ᠨᠡᠪᠲᠡᠷᠡᠭᠦᠯᠦᠭᠰᠡᠨ᠃
《ᠲᠣᠷᠯᠠᠨ》 ᠲᠠᠯᠬᠠ ᠨᠠᠷᠢᠨ ᠪᠣᠣᠪᠣᠨ ᠤ ᠦᠢᠯᠡᠳᠪᠦᠷᠢ ᠨᠢ ᠪᠠᠶᠢᠭᠤᠯᠤᠭᠳᠠᠭᠰᠠᠨ ᠴᠠᠭ ᠠᠴᠠ ᠪᠠᠨ ᠬᠣᠶᠢᠰᠢ ᠦᠢᠯᠡ ᠠᠵᠢᠯᠯᠠᠭᠠ ᠶᠢ ᠪᠠᠨ ᠲᠠᠰᠤᠷᠠᠯᠲᠠ ᠦᠭᠡᠢ ᠥᠷᠭᠡᠵᠢᠭᠦᠯᠵᠦ᠂ ᠬᠥᠭᠵᠢᠭᠦᠯᠵᠦ ᠪᠠᠶᠢᠭᠠ ᠪᠥᠭᠡᠳ 2019 ᠣᠨ ᠳᠤ ᠧᠦ᠋ᠷᠣᠫᠠ ᠶᠢᠨ ᠰᠡᠷᠭᠦᠭᠡᠨ ᠪᠣᠰᠬᠠᠯᠲᠠ᠂ ᠬᠥᠭᠵᠢᠯ ᠦᠨ ᠪᠠᠩᠬᠢᠨ ᠤ ᠰᠠᠩᠬᠦᠦ ᠶᠢᠨ ᠳᠡᠮᠵᠢᠯᠭᠡ ᠲᠡᠢ ᠪᠡᠷ ᠮᠣᠩᠭᠣᠯ ᠤᠨ ᠮᠧᠨᠧᠵᠮᠧᠨᠲ ᠦᠳ ᠦᠨ ᠵᠥᠪᠯᠡᠬᠥ ᠨᠦᠭᠦᠳ ᠦᠨ ᠬᠣᠯᠪᠣᠭᠠ ᠲᠠᠢ ᠬᠠᠮᠲᠤᠷᠠᠵᠤ ISO 9001᠄2015 ᠴᠢᠨᠠᠷ ᠤᠨ ᠰᠲ᠋ᠠᠨᠳᠠᠷᠲ ᠢ ᠬᠦᠨᠡᠰᠦᠨ ᠦ ᠦᠢᠯᠡᠪᠦᠷᠢ ᠲᠦ ᠪᠡᠨ ᠨᠡᠪᠲᠡᠷᠡᠭᠦᠯᠵᠡᠢ᠃ ᠢᠩᠭᠢᠭᠰᠡᠨ ᠢᠶᠡᠷ ᠢᠶᠡᠨ ᠴᠢᠨᠠᠷ ᠤᠨ ᠰᠲ᠋ᠠᠨᠳᠠᠷᠲ ᠢ ᠣᠷᠣᠨ ᠨᠤᠲᠤᠭ ᠲᠤ ᠪᠠᠨ ᠨᠡᠪᠲᠡᠷᠡᠭᠦᠯᠵᠦ ᠪᠤᠢ ᠠᠩᠬᠠᠨ ᠤ ᠦᠢᠯᠡᠳᠪᠦᠷᠢ ᠪᠣᠯᠵᠠᠢ᠃
ᠲᠤᠰ ᠬᠠᠮᠲᠤ ᠣᠯᠠᠨ ᠴᠢᠨᠠᠭᠰᠢᠳᠠ ᠣᠯᠠᠨ ᠤᠯᠤᠰ ᠤᠨ ᠦᠢᠯᠡᠳᠪᠦᠷᠢᠯᠡᠯ ᠦᠨ ᠲᠧᠭᠨᠣᠯᠣᠭᠢ ᠶᠢᠨ ᠬᠥᠭᠵᠢᠯᠲᠡᠢ ᠮᠥᠷᠥ ᠵᠡᠷᠭᠡᠴᠡᠨ᠂ ᠦᠢᠯᠡᠳᠪᠦᠷᠢᠯᠡᠯ᠂ ᠪᠣᠷᠣᠯᠠᠭᠤᠯᠤᠯᠲᠠ ᠶᠢᠨ ᠴᠠᠷᠠ ᠬᠦᠷᠢᠢ ᠡ ᠪᠡᠨ ᠤᠯᠤᠰ ᠤᠨ ᠬᠡᠮᠵᠢᠶᠡᠨ ᠳᠦ ᠲᠡᠯᠡᠵᠦ᠂ ᠦᠨᠳᠦᠰᠦᠨ ᠦ ᠪᠷᠡᠨᠳ᠋ ᠪᠣᠯᠬᠤ ᠵᠣᠷᠢᠯᠲᠠ ᠲᠠᠢ ᠠᠵᠢᠯᠯᠠᠵᠤ ᠪᠠᠶᠢᠨᠠ᠃